ᠲᠡᠮᠦᠷ ᠵᠠᠮ ᠤᠨ ᠠᠶᠤᠯᠲᠠᠢ ᠪᠥᠰᠡ ᠳᠦ ᠬᠠᠷᠢᠭᠤᠯᠭ᠎ᠠ ᠦᠭᠡᠢ ᠮᠠᠯ ᠤᠷᠬᠢᠬᠤ᠂ ᠪᠡᠯᠴᠢᠭᠡᠬᠦ ᠦᠭᠡᠢ ᠪᠠᠶᠢᠬᠤ ᠶᠢ ᠠᠩᠬᠠᠷᠤᠭᠤᠯᠵᠤ ᠪᠠᠶᠢᠨ᠎ᠠ

《ᠲᠠᠪᠤᠨᠲᠣᠯᠣᠭᠠᠢ-ᠵᠡᠭᠦᠨᠪᠠᠶᠠᠨ》 ᠴᠢᠭᠯᠡᠯ ᠦᠨ 416᠂1 ᠺᠢᠯᠣᠮᠧᠲ᠋ᠷ ᠲᠡᠮᠦᠷ ᠵᠠᠮ ᠳᠠᠭᠠᠤ ᠵᠡᠷᠯᠢᠭ ᠠᠨ ᠠᠮᠢᠲᠠᠨ ᠤ ᠨᠡᠭᠦᠳᠡᠯ᠂ ᠰᠢᠯᠵᠢᠯᠲᠡ ᠬᠥᠳᠡᠯᠭᠡᠭᠡᠨ ᠢ ᠴᠢᠯᠦᠭᠡᠲᠡᠢ ᠨᠡᠪᠲᠡᠷᠡᠭᠦᠯᠬᠦ ᠵᠣᠷᠢᠯᠭ᠎ᠠ ᠪᠠᠷ ᠲᠡᠮᠦᠷ ᠵᠠᠮ᠂ ᠲᠡᠭᠦᠨ ᠦ ᠳᠠᠭᠠᠤ ᠬᠠᠮᠠᠭᠠᠯᠠᠯᠲᠠ ᠶᠢᠨ ᠬᠣᠷᠢᠭ ᠬᠠᠰᠢᠶ᠎ᠠ ᠪᠠᠷᠢᠬᠤ ᠦᠭᠡᠢ ᠪᠠᠶᠢᠬᠤ ᠲᠤᠬᠠᠢ》 ᠮᠡᠳᠡᠭᠳᠡᠯ ᠢ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠠᠴᠠ 2021.05.10 ᠍ ᠤ ᠡᠳᠦᠷ ᠦᠨ 06/2084 ᠲᠣᠭᠠᠲᠤ ᠠᠯᠪᠠᠨ ᠪᠢᠴᠢᠭ ᠢᠶᠡᠷ 《ᠮᠣᠩᠭᠣᠯ ᠤᠨ ᠲᠡᠮᠦᠷ ᠵᠠᠮ》 ᠲᠥᠷᠦ ᠶᠢᠨ ᠥᠮᠴᠢ ᠶᠢᠨ ᠬᠤᠪᠢᠴᠠᠭᠠᠲᠤ ᠺᠣᠮᠫᠠᠨᠢ ᠲᠤ ᠢᠷᠡᠭᠦᠯᠦᠭᠰᠡᠨ᠃ ᠡᠭᠦᠨ ᠦ ᠳᠠᠭᠠᠤ ᠮᠠᠨ ᠤ ᠺᠣᠮᠫᠠᠨᠢ ᠶᠢᠨ ᠵᠦᠭ ᠡᠴᠡ ᠮᠠᠯᠴᠢᠨ ᠢᠷᠭᠡᠳ ᠦᠨ ᠰᠣᠨᠣᠷ ᠰᠡᠷᠡᠮᠵᠢᠲᠡᠢ ᠪᠠᠶᠢᠳᠠᠯ ᠢ ᠳᠡᠭᠡᠭᠰᠢᠯᠡᠭᠦᠯᠬᠦ᠂ ᠮᠡᠳᠡᠭᠡᠯᠡᠯ ᠣᠯᠭᠤᠬᠤ᠂ ᠵᠢᠭᠠᠪᠤᠷᠢᠴᠢᠯᠠᠭ᠎ᠠ ᠦᠭᠬᠦ᠂ ᠲᠠᠨᠢᠬᠤ ᠲᠡᠮᠳᠡᠭ ᠪᠠᠶᠢᠷᠢᠰᠢᠭᠤᠯᠬᠤ᠂ ᠭᠠᠯᠲᠤ ᠲᠡᠷᠭᠡᠨ ᠦ ᠬᠥᠳᠡᠯᠭᠡᠭᠡᠨ ᠢ 2-3 ᠴᠠᠭ ᠤᠨ ᠡᠮᠦᠨ᠎ᠡ ᠣᠷᠣᠨ ᠨᠤᠲᠤᠭ ᠤᠨ ᠮᠠᠯᠴᠢᠨ ᠢᠷᠭᠡᠳ ᠲᠦ ᠤᠲᠠᠰᠤ ᠪᠠᠷ ᠮᠡᠳᠡᠭᠡᠯᠡᠬᠦ ᠵᠡᠷᠭᠡ ᠬᠥᠳᠡᠯᠮᠦᠷᠢ ᠠᠶᠤᠯ ᠦᠭᠡᠢ ᠪᠠᠶᠢᠳᠠᠯ ᠤᠨ ᠵᠢᠭᠠᠪᠤᠷᠢᠴᠢᠯᠠᠭ᠎ᠠ ᠦᠭᠬᠦ ᠠᠵᠢᠯ ᠢ ᠤᠳᠠᠭ᠎ᠠ ᠳᠠᠷᠠᠭ᠎ᠠ ᠵᠣᠬᠢᠶᠠᠨ ᠪᠠᠶᠢᠭᠤᠯᠵᠤ ᠢᠷᠡᠭᠰᠡᠨ᠃ ᠭᠡᠪᠡᠴᠦ ᠲᠡᠮᠦᠷ ᠵᠠᠮ ᠤᠨ ᠠᠶᠤᠯᠲᠠᠢ ᠪᠦᠰᠡ ᠳᠦ ᠬᠠᠷᠠᠭ᠎ᠠ ᠬᠢᠨᠠᠯᠲᠠ ᠦᠭᠡᠢ᠂ ᠬᠠᠷᠢᠭᠤᠯᠭ᠎ᠠ ᠦᠭᠡᠢ ᠮᠠᠯ ᠣᠷᠬᠢᠭᠰᠠᠨ ᠠᠴᠠ ᠭᠠᠯᠲᠤ ᠲᠡᠷᠭᠡᠨ ᠳᠦ ᠮᠠᠯ ᠳᠠᠭᠠᠷᠢᠭᠳᠠᠬᠤ ᠲᠣᠬᠢᠶᠠᠯᠳᠤᠯ ᠭᠠᠷᠴᠤ ᠪᠠᠶᠢᠨ᠎ᠠ᠃ ᠭᠠᠯᠲᠤ ᠲᠡᠷᠭᠡ ᠨᠢ ᠣᠯᠠᠨ ᠲᠣᠭᠠᠨ ᠤ ᠵᠢᠩ ᠲᠡᠢ ᠠᠴᠢᠶ᠎ᠠ ᠲᠡᠭᠡᠭᠡᠪᠦᠷᠢᠯᠡᠵᠦ ᠶᠠᠪᠤᠬᠤ ᠦᠶᠡᠳᠡᠭᠡ ᠲᠡᠷᠡ ᠳᠣᠣᠷ᠎ᠠ ᠪᠠᠨ ᠵᠣᠭᠰᠣᠬᠤ᠂ ᠡᠩᠨᠡᠭᠡ ᠪᠠᠶᠢᠷᠢ ᠪᠠᠨ ᠰᠢᠯᠵᠢᠭᠦᠯᠬᠦ ᠪᠣᠯᠤᠮᠵᠢ ᠦᠭᠡᠢ ᠪᠥᠭᠡᠳ ᠲᠡᠮᠦᠷ ᠵᠠᠮ ᠳᠡᠭᠡᠷ᠎ᠡ ᠰᠠᠭᠠᠳ ᠲᠠᠭᠠᠷᠠᠭᠰᠠᠨ ᠦᠶ᠎ᠡ ᠳᠦ ᠶᠠᠭᠠᠷᠠᠯᠲᠠᠢ ᠲᠣᠷᠮᠣᠰ ᠬᠢᠬᠦ ᠲᠣᠬᠢᠶᠠᠯᠳᠤᠯ ᠳᠤ 1000-1200 ᠮᠧᠲ᠋ᠷ ᠭᠠᠵᠠᠷ ᠲᠤᠭᠤᠯᠵᠤ ᠵᠣᠭᠰᠣᠳᠠᠭ᠃ ᠲᠡᠮᠦᠷ ᠵᠠᠮ ᠤᠨ ᠲᠡᠭᠡᠭᠡᠪᠦᠷᠢ ᠶᠢᠨ ᠲᠤᠬᠠᠢ ᠬᠠᠤᠯᠢ ᠶᠢᠨ 《ᠲᠡᠮᠦᠷ ᠵᠠᠮ ᠤᠨ ᠠᠶᠤᠯᠲᠠᠢ ᠪᠥᠰᠡ ᠶᠢᠨ ᠳᠢᠭᠯᠢᠮ ᠦᠨ ᠵᠢᠷᠤᠮ》 ᠍ ᠶᠢᠨ 2.2 ᠍ ᠳᠦ ᠵᠢᠭᠠᠭᠰᠠᠨ ᠢᠶᠠᠷ 《ᠲᠡᠮᠦᠷ ᠵᠠᠮ ᠤᠨ ᠠᠶᠤᠯᠲᠠᠢ ᠪᠥᠰᠡ ᠨᠢ ᠭᠠᠯᠲᠤ ᠲᠡᠷᠭᠡᠨ ᠦ ᠪᠣᠯᠤᠨ ᠰᠡᠯᠭᠦᠭᠡᠨ ᠦ ᠬᠥᠳᠡᠯᠭᠡᠭᠡᠨ᠂ ᠠᠴᠢᠯᠲᠠ ᠪᠠᠭᠤᠯᠭᠠᠯᠲᠠ ᠲᠠᠢ ᠬᠣᠯᠪᠣᠭ᠎ᠠ ᠲᠠᠢ ᠠᠵᠢᠯ᠂ ᠦᠢᠯᠡᠴᠢᠯᠡᠭᠡᠨ ᠦ ᠣᠨᠴᠠᠯᠢᠭ᠂ ᠲᠡᠮᠦᠷ ᠵᠠᠮ ᠤᠨ ᠲᠡᠭᠡᠭᠡᠪᠦᠷᠢ ᠶᠢᠨ ᠠᠶᠤᠯ ᠦᠭᠡᠢ ᠪᠠᠶᠢᠳᠠᠯ ᠢ ᠬᠠᠩᠭᠠᠬᠤ ᠱᠠᠭᠠᠷᠳᠠᠯᠭ᠎ᠠ ᠠᠴᠠ ᠬᠠᠮᠢᠶᠠᠷᠤᠨ ᠳᠣᠣᠷ᠎ᠠ ᠳᠤᠷᠠᠳᠤᠭᠰᠠᠨ ᠵᠠᠢ ᠬᠡᠮᠵᠢᠶ᠎ᠡ ᠲᠡᠢ ᠪᠠᠶᠢᠨ᠎ᠠ᠃ ᠡᠭᠦᠨ ᠳᠦ᠄ -ᠲᠡᠮᠦᠷ ᠵᠠᠮ᠂ ᠥᠷᠲᠡᠭᠡ ᠬᠣᠭᠣᠷᠣᠨᠳᠣ ᠶᠢᠨ ᠵᠠᠮ ᠳᠤ ᠵᠠᠬ᠎ᠠ ᠶᠢᠨ ᠲᠡᠮᠦᠷ ᠡᠴᠡ 5 ᠮᠧᠲ᠋ᠷ ᠥᠷᠲᠡᠭᠡ ᠵᠥᠷᠢᠯᠭᠡ᠂ ᠰᠠᠯᠪᠤᠷᠢ ᠵᠠᠮ ᠳᠤ ᠵᠠᠬ᠎ᠠ ᠶᠢᠨ ᠵᠠᠮ ᠲᠡᠮᠦᠷ ᠡᠴᠡ 5 ᠮᠧᠲ᠋ᠷ ᠵᠥᠷᠢᠴᠡᠯ ᠦᠨ ᠲᠤᠬᠠᠢ ᠬᠠᠤᠯᠢ ᠳᠤ 5.1 ᠭᠠᠯᠲᠤ ᠲᠡᠷᠭᠡᠨ ᠦ ᠬᠥᠳᠡᠯᠭᠡᠭᠡᠨ ᠢ ᠰᠠᠭᠠᠲᠠᠭᠤᠯᠵᠤ ᠪᠣᠯᠬᠤ ᠵᠦᠢᠯᠡᠰ ᠢ ᠲᠡᠮᠦᠷ ᠵᠠᠮ ᠳᠡᠭᠡᠷ᠎ᠡ ᠲᠠᠯᠪᠢᠬᠤ᠂ ᠮᠠᠯ᠂ ᠶᠡᠷᠦᠳᠡ ᠶᠢᠨ ᠬᠥᠰᠬᠡ᠂ ᠲᠡᠭᠡᠭᠡᠪᠦᠷᠢ ᠶᠢᠨ ᠬᠡᠷᠡᠭᠰᠡᠯ ᠢ ᠲᠡᠮᠦᠷ ᠵᠠᠮ ᠤᠨ ᠭᠠᠷᠤᠮ ᠦᠭᠡᠢ ᠭᠠᠷᠴᠠ ᠪᠠᠷ ᠭᠠᠷᠭᠠᠬᠤ 5.2 ᠲᠡᠮᠦᠷ ᠵᠠᠮ ᠤᠨ ᠠᠶᠤᠯᠲᠠᠢ ᠪᠦᠰᠡ ᠳᠦ ᠵᠥᠪᠰᠢᠶᠡᠷᠡᠯ ᠦᠭᠡᠢ ᠨᠡᠪᠲᠡᠷᠡᠬᠦ 5.4 ᠭᠠᠯᠲᠤ ᠲᠡᠷᠭᠡ ᠶᠢ ᠳᠤᠷ᠎ᠠ ᠮᠡᠳᠡᠨ ᠵᠣᠭᠰᠣᠬᠤ ᠵᠡᠷᠭᠡ ᠪᠡᠷ ᠭᠠᠯᠲᠤ ᠲᠡᠷᠭᠡᠨ ᠦ ᠬᠥᠳᠡᠯᠭᠡᠭᠡᠨ ᠦ ᠠᠶᠤᠯ ᠦᠭᠡᠢ ᠪᠠᠶᠢᠳᠠᠯ ᠤᠨ ᠵᠢᠷᠤᠮ ᠵᠥᠷᠢᠴᠡᠭᠰᠡᠨ ᠪᠣᠯ ᠬᠦᠮᠦᠨ ᠢ ᠨᠢᠭᠡ ᠵᠠᠭᠤᠨ ᠲᠠᠪᠢᠨ ᠨᠢᠭᠡᠴᠡ ᠲᠡᠢ ᠲᠡᠩᠴᠡᠬᠦ ᠬᠡᠮᠵᠢᠶᠡᠨ ᠦ ᠲᠥᠭᠦᠷᠢᠭ ᠢᠶᠡᠷ ᠲᠣᠷᠭᠣᠨ᠎ᠠ》 ᠬᠡᠮᠡᠨ ᠲᠤᠰ ᠲᠤᠰ ᠵᠢᠭᠠᠭᠰᠠᠨ ᠪᠠᠶᠢᠨ᠎ᠠ᠃ ᠡᠶᠢᠮᠦ ᠳᠦ ᠢᠷᠭᠡᠳ ᠲᠠ ᠪᠦᠬᠦᠨ ᠲᠠ ᠲᠡᠮᠦᠷ ᠵᠠᠮ ᠤᠨ ᠣᠶᠢᠷ᠎ᠠ ᠣᠷᠴᠢᠮ᠂ ᠠᠶᠤᠯᠲᠠᠢ ᠪᠥᠰᠡ ᠳᠦ ᠮᠠᠯ ᠢᠶᠠᠨ ᠪᠡᠯᠴᠢᠭᠡᠬᠦ᠂ ᠬᠠᠷᠢᠭᠤᠯᠭ᠎ᠠ ᠦᠭᠡᠢ ᠣᠷᠬᠢᠬᠤ ᠦᠭᠡᠢ ᠪᠠᠶᠢᠬᠤ᠂ ᠬᠠᠷᠠᠭ᠎ᠠ ᠬᠢᠨᠠᠯᠲᠠ ᠲᠠᠯᠪᠢᠵᠤ ᠤᠷᠢᠳᠴᠢᠯᠠᠨ ᠰᠡᠷᠭᠡᠶᠢᠯᠡᠬᠦ ᠶᠢ ᠣᠨᠴᠠᠭᠠᠶᠢᠯᠠᠨ ᠠᠩᠬᠠᠷᠤᠭᠤᠯᠵᠤ ᠪᠠᠶᠢᠨ᠎ᠠ!