ᠰᠢᠨ᠎ᠡ ᠰᠡᠷᠭᠦᠯᠲᠡ ᠶᠢᠨ ᠪᠣᠳᠣᠯᠭ᠎ᠠ ᠳᠤ ᠲᠤᠰᠬᠠᠭᠳᠠᠭᠰᠠᠨ ᠪᠣᠭᠣᠮᠲᠠ ᠶᠢᠨ ᠰᠡᠷᠭᠦᠯᠲᠡ ᠶᠢᠨ ᠬᠦᠷᠢᠶᠡᠨ ᠳᠦ ᠵᠠᠰᠠᠭ ᠤᠨ ᠭᠠᠵᠠᠷ ᠤᠨ 446 ᠳ᠋ᠤᠭᠠᠷ ᠲᠣᠭᠲᠠᠭᠠᠯ ᠢᠶᠠᠷ 《ᠰᠢᠪᠡᠭᠡᠬᠦᠷᠢᠨ-ᠰᠡᠬᠡ》 ᠪᠣᠭᠣᠮᠲᠠ ᠶᠢᠨ ᠲᠡᠮᠦᠷ ᠵᠠᠮ ᠤᠨ ᠲᠥᠰᠥᠯ ᠢ ᠬᠡᠷᠡᠭᠵᠢᠭᠦᠯᠬᠦ ᠡᠭᠦᠷᠭᠡ ᠶᠢ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠳᠦ ᠳᠠᠭᠠᠭᠠᠯᠭᠠᠭᠰᠠᠨ. 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ ᠲᠤᠰ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡᠳᠬᠡᠯ ᠠᠵᠢᠯ ᠤᠨ ᠬᠦᠷᠢᠶᠡᠨ ᠳᠦ ᠰᠢᠪᠡᠭᠡᠬᠦᠷᠢᠨ-ᠰᠡᠬᠡ ᠪᠣᠭᠣᠮᠲᠠ ᠶᠢᠨ ᠲᠡᠮᠦᠷ ᠵᠠᠮ ᠤᠨ ᠢᠨᠵᠧᠨᠧᠷ ᠭᠧᠣᠯᠣᠭᠢ᠂ ᠭᠢᠳ᠋ᠷᠣᠯᠣᠭ ᠤᠨ ᠰᠤᠳᠤᠯᠭᠠᠨ ᠤ ᠠᠵᠢᠯ ᠢ ᠬᠢᠵᠦ᠂ ᠲᠧᠭᠨᠢᠭ ᠡᠳ᠋ ᠍ ᠦᠨ ᠵᠠᠰᠠᠭ ᠤᠨ ᠦᠨᠳᠦᠰᠦᠯᠡᠯ ᠢ ᠪᠣᠯᠪᠠᠰᠤᠷᠠᠭᠤᠯᠤᠨ ᠭᠦᠢᠴᠡᠳᠭᠡᠭᠰᠡᠨ᠃ ᠰᠢᠪᠡᠭᠡᠬᠦᠷᠢᠨ-ᠰᠡᠬᠡ ᠪᠣᠭᠣᠮᠲᠠ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠰᠡᠬᠡ ᠪᠣᠭᠣᠮᠲᠠ ᠲᠠᠢ 7᠂1 ᠺᠢᠯᠣᠮᠧᠲ᠋ᠷ ᠲᠡᠮᠦᠷ ᠵᠠᠮ ᠢᠶᠠᠷ ᠬᠣᠯᠪᠣᠬᠤ ᠤᠭ ᠪᠦᠲᠦᠭᠡᠨ ᠪᠠᠶᠢᠭᠤᠯᠤᠯᠲᠠ ᠶᠢᠨ ᠠᠵᠢᠯ ᠥᠩᠭᠡᠷᠡᠭᠴᠢ 5 ᠳ᠋ᠤᠭᠠᠷ ᠰᠠᠷ᠎ᠠ ᠶᠢᠨ ᠰᠡᠭᠦᠯ ᠢᠶᠡᠷ ᠡᠬᠢᠯᠡᠵᠦ᠂ 2023 ᠣᠨ ᠤ IV ᠤᠯᠠᠷᠢᠯ ᠳᠤ ᠪᠠᠭᠲᠠᠭᠠᠨ ᠠᠰᠢᠭᠯᠠᠯᠲᠠ ᠳᠤ ᠣᠷᠣᠭᠤᠯᠬᠤ ᠲᠥᠯᠦᠪᠯᠡᠭᠡ ᠲᠡᠢ ᠠᠵᠢᠯᠯᠠᠵᠤ ᠪᠠᠶᠢᠨ᠎ᠠ᠃ ᠲᠥᠰᠥᠯ ᠦᠨ ᠭᠠᠵᠠᠷ ᠰᠢᠷᠤᠶᠢᠨ ᠤ ᠠᠵᠢᠯ ᠥᠨᠥᠳᠥᠷ ᠦᠨ ᠪᠠᠶᠢᠳᠠᠯ ᠢᠶᠠᠷ 35 ᠬᠤᠪ ᠤᠨ ᠭᠦᠢᠴᠡᠳᠬᠡᠯ ᠲᠡᠢ ᠦᠷᠭᠦᠯᠵᠢᠯᠡᠵᠦ ᠪᠠᠶᠢᠨ᠎ᠠ. ᠲᠡᠭᠡᠭᠡᠪᠦᠷᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠶᠢ ᠲᠥᠯᠥᠪᠯᠡᠯᠲᠡ ᠲᠡᠢ ᠬᠡᠷᠡᠭᠵᠢᠭᠦᠯᠬᠦ ᠨᠥᠬᠥᠴᠡᠯ ᠪᠥᠷᠢᠳᠦᠨ᠎ᠡ᠃ ᠲᠡᠭᠦᠨᠴᠢᠯᠡᠨ ᠲᠡᠮᠦᠷ ᠵᠠᠮ ᠢᠶᠠᠷ ᠬᠢᠬᠦ ᠡᠺᠰᠫᠣᠷᠲ ᠢᠮᠫᠣᠷᠲ᠂ ᠲᠷᠠᠨᠵᠤ ᠳᠤ ᠲᠡᠭᠡᠭᠡᠪᠦᠷᠢ ᠶᠢᠨ ᠬᠡᠮᠵᠢᠶ᠎ᠡ ᠨᠡᠮᠡᠭᠳᠡᠬᠦ᠂ ᠲᠡᠮᠦᠷ ᠵᠠᠮ ᠳᠠᠭᠠᠭᠰᠠᠨ ᠬᠥᠭᠵᠢᠯ ᠬᠤᠷᠳᠤᠰᠴᠢ᠂ ᠵᠠᠮ ᠲᠡᠭᠡᠭᠡᠪᠦᠷᠢ ᠶᠢᠨ ᠰᠠᠯᠪᠤᠷᠢ ᠶᠢᠨ ᠰᠢᠨ᠎ᠡ ᠰᠡᠷᠭᠦᠯᠲᠡ ᠤᠯᠠᠮ ᠡᠷᠴᠢᠮᠵᠢᠬᠦ ᠪᠣᠯᠤᠮᠵᠢ ᠲᠠᠢ ᠪᠣᠯᠵᠤ ᠪᠠᠶᠢᠨ᠎ᠠ᠃