ᠲᠡᠮᠦᠷ ᠵᠠᠮ ᠤᠨ ᠲᠡᠭᠡᠭᠡᠪᠦᠷᠢ ᠶᠢᠨ ᠲᠤᠬᠠᠢ ᠬᠠᠤᠯᠢ ᠲᠥᠷᠦ ᠶᠢᠨ ᠮᠡᠳᠡᠭᠡᠯᠡᠯ ᠦᠨ ᠨᠢᠭᠡᠳᠦᠭᠰᠡᠨ ᠰᠠᠩ ᠳᠤ ᠣᠷᠣᠯ᠎ᠠ

ᠲᠡᠮᠦᠷ ᠵᠠᠮ ᠤᠨ ᠲᠡᠭᠡᠭᠡᠪᠦᠷᠢ ᠶᠢᠨ ᠲᠤᠬᠠᠢ ᠬᠠᠤᠯᠢ ᠪᠠᠷ ᠲᠡᠮᠦᠷ ᠵᠠᠮ ᠤᠨ ᠲᠡᠭᠡᠭᠡᠪᠦᠷᠢᠯᠡᠯᠲᠡ ᠲᠡᠢ ᠬᠣᠯᠪᠣᠭ᠎ᠠ ᠲᠠᠢ ᠰᠠᠭᠤᠷᠢ ᠬᠠᠷᠢᠯᠴᠠᠭ᠎ᠠ ᠶᠢ ᠲᠣᠳᠣᠷᠬᠠᠢ᠂ ᠣᠨᠣᠪᠴᠢᠲᠠᠢ ᠵᠣᠬᠢᠴᠠᠭᠤᠯᠤᠨ᠎ᠠ᠃ ᠲᠡᠭᠡᠭᠡᠪᠦᠷᠢᠯᠡᠯᠲᠡ ᠶᠢᠨ ᠦᠢᠯᠡ ᠠᠵᠢᠯᠯᠠᠭᠠᠨ ᠳᠤ ᠣᠷᠣᠯᠴᠠᠭᠴᠢᠳ ᠤᠨ ᠲᠡᠭᠰᠢ ᠣᠷᠣᠯᠴᠠᠭ᠎ᠠ ᠶᠢ ᠬᠠᠩᠭᠠᠵᠤ᠂ ᠲᠡᠭᠡᠭᠡᠪᠦᠷᠢ ᠶᠢᠨ ᠦᠷ᠎ᠡ ᠠᠰᠢᠭ ᠨᠡᠮᠡᠭᠳᠡᠨ᠎ᠡ᠃ ᠲᠡᠮᠦᠷ ᠵᠠᠮ ᠤᠨ ᠠᠵᠢᠯᠲᠠᠨ ᠤ ᠨᠡᠶᠢᠭᠡᠮ ᠦᠨ ᠪᠠᠲᠤᠯᠠᠭ᠎ᠠ ᠰᠠᠶᠢᠵᠢᠷᠠᠵᠤ᠂ ᠲᠣᠭᠲᠠᠪᠤᠷᠢᠲᠠᠢ ᠠᠵᠢᠯᠯᠠᠬᠤ ᠨᠥᠬᠥᠴᠡᠯ ᠪᠣᠯᠤᠮᠵᠢ ᠪᠦᠷᠢᠳᠴᠦ᠂ ᠬᠥᠳᠡᠯᠭᠡᠭᠡᠨ ᠦ ᠠᠶᠤᠯ ᠦᠭᠡᠢ ᠪᠠᠶᠢᠳᠠᠯ ᠢ ᠬᠠᠩᠭᠠᠬᠤ᠂ ᠠᠵᠢᠯᠴᠢᠳ ᠢ ᠡᠷᠡᠭᠦᠯ ᠮᠡᠨᠳᠦ ᠶᠢᠨ ᠦᠵᠡᠯᠭᠡ ᠳᠦ ᠬᠠᠮᠤᠷᠤᠭᠤᠯᠬᠤ ᠠᠰᠠᠭᠤᠳᠠᠯ ᠢ ᠢᠯᠡᠭᠦᠦ ᠲᠣᠳᠣᠷᠬᠠᠢ ᠵᠣᠬᠢᠴᠠᠭᠤᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠰᠠᠯᠪᠤᠷᠢ ᠳᠤ ᠲᠥᠷᠥ ᠶᠢᠨ ᠪᠣᠳᠣᠯᠭ᠎ᠠ ᠶᠢᠨ ᠨᠢᠭᠡᠳᠦᠮᠡᠯ ᠤᠶᠠᠯᠳᠤᠭ᠎ᠠ ᠶᠢ ᠬᠠᠩᠭᠠᠬᠤ᠂ ᠲᠥᠷᠥ ᠡᠴᠡ ᠲᠡᠮᠦᠷ ᠵᠠᠮ ᠤᠨ ᠲᠡᠭᠡᠭᠡᠪᠦᠷᠢ ᠶᠢᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠶᠢ ᠲᠥᠯᠥᠪᠯᠡᠯᠲᠡ ᠲᠡᠢ ᠬᠡᠷᠡᠭᠵᠢᠭᠦᠯᠬᠦ ᠨᠥᠬᠥᠴᠡᠯ ᠪᠥᠷᠢᠳᠦᠨ᠎ᠡ᠃ ᠲᠡᠭᠦᠨᠴᠢᠯᠡᠨ ᠲᠡᠮᠦᠷ ᠵᠠᠮ ᠢᠶᠠᠷ ᠬᠢᠬᠦ ᠡᠺᠰᠫᠣᠷᠲ ᠢᠮᠫᠣᠷᠲ᠂ ᠲᠷᠠᠨᠵᠤ ᠳᠤ ᠲᠡᠭᠡᠭᠡᠪᠦᠷᠢ ᠶᠢᠨ ᠬᠡᠮᠵᠢᠶ᠎ᠡ ᠨᠡᠮᠡᠭᠳᠡᠬᠦ᠂ ᠲᠡᠮᠦᠷ ᠵᠠᠮ ᠳᠠᠭᠠᠭᠰᠠᠨ ᠬᠥᠭᠵᠢᠯ ᠬᠤᠷᠳᠤᠰᠴᠢ᠂ ᠵᠠᠮ ᠲᠡᠭᠡᠭᠡᠪᠦᠷᠢ ᠶᠢᠨ ᠰᠠᠯᠪᠤᠷᠢ ᠶᠢᠨ ᠰᠢᠨ᠎ᠡ ᠰᠡᠷᠭᠦᠯᠲᠡ ᠤᠯᠠᠮ ᠡᠷᠴᠢᠮᠵᠢᠬᠦ ᠪᠣᠯᠤᠮᠵᠢ ᠲᠠᠢ ᠪᠣᠯᠵᠤ ᠪᠠᠶᠢᠨ᠎ᠠ᠃