ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠥᠬᠡ ᠬᠣᠲᠠᠳ ᠵᠣᠬᠢᠶᠠᠨ ᠪᠠᠶᠢᠭᠤᠯᠤᠭᠳᠠᠵᠤ ᠪᠤᠢ ᠮᠣᠩᠭᠣᠯ-ᠬᠢᠲᠠᠳ ᠤᠨ ᠬᠠᠮᠲᠤᠷᠠᠭᠰᠠᠨ ᠳᠥᠷᠪᠡ ᠳ᠋ᠡᠬᠢ ᠤᠳᠠᠭ᠎ᠠ ᠶᠢᠨ ᠡᠺᠰᠫᠣᠳ ᠳᠡᠯᠡᠬᠡᠢ ᠶᠢᠨ 35 ᠤᠯᠤᠰ ᠣᠷᠣᠨ ᠤ ᠲᠥᠯᠦᠭᠡᠯᠡᠭᠴᠢ 《ᠨᠡᠭᠡᠭᠡᠯᠲᠡ ᠲᠡᠢ ᠰᠢᠨ᠎ᠡ ᠲᠣᠭᠲᠠᠯᠴᠠᠭ᠎ᠠ ᠶᠢ ᠬᠠᠮᠲᠤᠷᠠᠨ ᠪᠠᠶᠢᠭᠤᠯᠵᠤ᠂ ᠬᠥᠭᠵᠢᠯ ᠦᠨ ᠰᠢᠨ᠎ᠡ ᠪᠣᠯᠤᠮᠵᠢ ᠶᠢ ᠬᠠᠮᠲᠤ ᠳᠤ ᠪᠠᠨ ᠬᠤᠪᠢᠶᠠᠯᠴᠠᠶ᠎ᠠ》 ᠤᠷᠢᠶᠠᠨ ᠳᠣᠣᠷ᠎ᠠ ᠴᠢᠭᠤᠯᠵᠤ ᠪᠠᠶᠢᠨ᠎ᠠ᠃
2023 ᠣᠨ ᠤ ᠶᠢᠰᠦᠳᠦᠭᠡᠷ ᠰᠠᠷ᠎ᠠ ᠶᠢᠨ 6-10 ᠍ ᠤ ᠡᠳᠦᠷ ᠦᠳ ᠲᠦ ᠦᠷᠭᠦᠯᠵᠢᠯᠡᠬᠦ ᠲᠤᠰ ᠠᠷᠭ᠎ᠠ ᠬᠡᠮᠵᠢᠶᠡᠨ ᠳᠦ ᠮᠣᠩᠭᠣᠯ ᠤᠨ ᠲᠠᠯ᠎ᠠ ᠠᠴᠠ 500 ᠭᠠᠷᠤᠢ ᠪᠢᠽᠢᠨ᠋ᠧᠰ ᠡᠷᠬᠢᠯᠡᠭᠴᠢ ᠠᠵᠤ ᠠᠬᠤᠢ ᠨᠢᠭᠡᠴᠡ ᠪᠠᠶᠢᠭᠤᠯᠤᠯᠭ᠎ᠠ ᠣᠷᠣᠯᠴᠠᠵᠤ᠂ ᠪᠠᠷ᠎ᠠ ᠪᠦᠲᠦᠭᠡᠭᠳᠡᠬᠦᠨ ᠢᠶᠡᠨ ᠰᠤᠷᠲᠠᠯᠴᠢᠯᠠᠵᠤ ᠪᠠᠶᠢᠨ᠎ᠠ᠃
ᠬᠣᠶᠠᠷ ᠵᠢᠯ ᠳᠦ ᠨᠢᠭᠡ ᠤᠳᠠᠭ᠎ᠠ ᠪᠣᠯᠳᠠᠭ ᠲᠤᠰ ᠠᠷᠭ᠎ᠠ ᠬᠡᠮᠵᠢᠶ᠎ᠡ ᠨᠢ ᠡᠮᠦᠨ᠎ᠡ ᠨᠢ 2015᠂ 2017᠂ 2019 ᠣᠨ ᠨᠤᠭᠤᠳ ᠲᠤ ᠪᠣᠯᠵᠤ ᠪᠠᠶᠢᠭᠰᠠᠨ ᠶᠤᠮ᠃ ᠴᠠᠷ᠎ᠠ ᠲᠠᠬᠤᠯ ᠤᠨ ᠤᠯᠠᠮ ᠠᠴᠠ ᠲᠦᠷᠢ ᠵᠠᠪᠰᠠᠷᠯᠠᠭᠠᠳ ᠪᠠᠶᠢᠭᠰᠠᠨ ᠮᠣᠩᠭᠣᠯ-ᠬᠢᠲᠠᠳ ᠤᠨ ᠨᠡᠷ᠎ᠡ ᠶᠢᠨ ᠬᠠᠭᠤᠳᠠᠰᠤ ᠪᠣᠯᠤᠭᠰᠠᠨ ᠤᠭ ᠡᠺᠰᠫᠣᠭ ᠡᠨᠡ ᠵᠢᠯ ᠡᠴᠡ ᠳ᠋ᠠᠬᠢᠨ ᠰᠡᠷᠭᠦᠭᠡᠵᠦ᠂ ᠳᠥᠷᠪᠡ ᠳ᠋ᠡᠬᠢ ᠤᠳᠠᠭ᠎ᠠ ᠶᠢᠨ ᠦᠵᠡᠰᠬᠦᠯᠡᠩ ᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠥᠬᠡ ᠬᠣᠲᠠ ᠶᠢᠨ ᠴᠡᠯᠡᠭᠡᠷ ᠲᠠᠯ᠎ᠠ ᠣᠯᠠᠨ ᠤᠯᠤᠰ ᠤᠨ ᠦᠵᠡᠰᠬᠦᠯᠡᠩ ᠦᠨ ᠲᠥᠪ ᠲᠦ ᠵᠣᠬᠢᠶᠠᠨ ᠪᠠᠶᠢᠭᠤᠯᠵᠤ ᠪᠠᠶᠢᠨ᠎ᠠ᠃
ᠬᠤᠳᠠᠯᠳᠤᠭ᠎ᠠ᠂ ᠡᠳ᠋ ᠍ ᠦᠨ ᠵᠠᠰᠠᠭ ᠤᠨ ᠴᠢᠭᠤᠯᠭ᠎ᠠ ᠠᠭᠤᠯᠵᠠᠯᠲᠠ᠂ ᠰᠠᠯᠪᠤᠷᠢ ᠬᠤᠷᠠᠯᠳᠤᠭᠠᠨ᠂ ᠹᠣᠷᠣᠮ᠂ᠰᠣᠶᠣᠯ ᠤᠨ ᠰᠣᠯᠢᠯᠴᠠᠭᠠᠨ ᠤ ᠦᠢᠯᠡ ᠠᠵᠢᠯᠯᠠᠭ᠎ᠠ ᠵᠡᠷᠭᠡ ᠲᠠᠪᠤᠨ ᠦᠨᠳᠦᠰᠦᠨ ᠠᠷᠭ᠎ᠠ ᠬᠡᠮᠵᠢᠶᠡᠨ ᠡᠴᠡ ᠪᠦᠷ ᠲᠦ ᠬᠢ ᠦᠵᠡᠰᠬᠦᠯᠡᠩ ᠦᠨ ᠨᠡᠶᠢᠲᠡ ᠬᠠᠮᠤᠷᠬᠤ ᠲᠠᠯᠠᠪᠠᠢ 92 ᠮᠢᠩᠭᠠᠨ ᠮᠧᠲ᠋ᠷ|ᠺᠦᠸᠠᠳ᠋ ᠠᠵᠤ᠃
ᠳᠥᠷᠪᠡᠨ ᠡᠳᠦᠷ ᠦᠷᠭᠦᠯᠵᠢᠯᠡᠬᠦ ᠡᠺᠰᠫᠣ ᠠᠷᠭ᠎ᠠ ᠬᠡᠮᠵᠢᠶᠡᠨ ᠦ ᠡᠬᠢᠨ ᠦ ᠡᠳᠦᠷ ᠪᠤᠶᠤ ᠠᠯᠪᠠᠨ ᠶᠣᠰᠣᠨ ᠤ ᠨᠡᠭᠡᠭᠡᠯᠲᠡ ᠳᠦ ᠣᠷᠣᠯᠴᠠᠭᠴᠢ ᠮᠣᠩᠭᠣᠯ᠂ ᠬᠢᠲᠠᠳ ᠤᠨ ᠲᠠᠯ᠎ᠠ ᠶᠢᠨ ᠠᠯᠪᠠᠨ ᠤ ᠲᠥᠯᠥᠭᠡᠯᠡᠭᠴᠢᠳ ᠮᠠᠨ ᠤ ᠬᠣᠶᠠᠷ ᠣᠷᠣᠨ ᠤ ᠤᠷᠲᠤ ᠬᠤᠭᠤᠴᠠᠭᠠᠨ ᠤ ᠨᠠᠶᠢᠷᠰᠠᠭ᠂ ᠰᠠᠶᠢᠨ ᠬᠥᠷᠰᠢ ᠶᠢᠨ ᠬᠠᠷᠢᠯᠴᠠᠭ᠎ᠠ ᠶᠢ ᠲᠣᠳᠣᠳᠬᠠᠨ ᠣᠨᠴᠠᠯᠠᠭᠠᠳ᠂ ᠢᠵᠢ ᠪᠦᠷᠢᠨ ᠰᠲᠷᠠᠲ᠋ᠧᠭᠢ ᠬᠠᠷᠢᠯᠴᠠᠭ᠎ᠠ ᠶᠢ ᠤᠯᠠᠮ ᠪᠡᠬᠢᠵᠢᠭᠦᠯᠵᠦ᠂ ᠪᠥᠰᠡ ᠨᠤᠲᠤᠭ ᠲᠤ ᠢᠯᠡᠭᠦᠦ ᠲᠣᠭᠲᠠᠪᠤᠷᠢᠲᠠᠢ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠲᠡᠯᠡᠬᠦ ᠬᠦᠰᠡᠯ ᠲᠡᠢ ᠪᠠᠶᠢᠭ᠎ᠠ ᠪᠠᠨ ᠦᠵᠡᠰᠬᠦᠯᠡᠩ ᠦᠨ ᠶᠡᠨᠳᠡᠷ ᠳᠡᠭᠡᠷ᠎ᠡ ᠡᠴᠡ ᠢᠯᠡᠷᠬᠡᠶᠢᠯᠡᠵᠦ ᠪᠠᠶᠢᠯ᠎ᠠ᠃
ᠡᠬᠢᠨ ᠦ ᠡᠳᠦᠷ ᠦᠨ ᠡᠺᠰᠫᠣ ᠠᠷᠭ᠎ᠠ ᠬᠡᠮᠵᠢᠶ᠎ᠡ 《ᠤᠮᠠᠷᠠᠲᠤ ᠵᠦᠭ ᠢ ᠨᠡᠭᠡᠭᠡᠯᠲᠡ ᠲᠡᠢ ᠬᠥᠭᠵᠢᠭᠦᠯᠬᠦ ᠦᠨᠳᠦᠰᠦᠨ ᠦ ᠡᠳ᠋ ᠍ ᠦᠨ ᠵᠠᠰᠠᠭ᠂ ᠬᠤᠳᠠᠯᠳᠤᠭᠠᠨ ᠤ ᠹᠣᠷᠣᠮ》 ᠍ ᠢᠶᠠᠷ ᠦᠷᠭᠦᠯᠵᠢᠯᠡᠵᠦ᠂ ᠲᠤᠰ ᠹᠣᠷᠣᠮ ᠳᠤ ᠮᠣᠩᠭᠣᠯ ᠤᠨ ᠲᠠᠯ᠎ᠠ ᠠᠴᠠ ᠵᠠᠮ᠂ ᠲᠡᠭᠡᠭᠡᠪᠦᠷᠢ ᠶᠢᠨ ᠬᠥᠭᠵᠢᠯ ᠦᠨ ᠰᠠᠶᠢᠳ ᠰ ∙ ᠪᠢᠮᠪᠠᠴᠣᠭ ᠲᠤ ᠣᠷᠣᠯᠴᠠᠵᠤ᠂ ᠵᠠᠮ ᠲᠡᠭᠡᠭᠡᠪᠦᠷᠢ ᠶᠢᠨ ᠳᠡᠳ᠋ ᠪᠦᠲᠦᠴᠡ ᠶᠢᠨ ᠲᠥᠰᠦᠯ ᠦᠳ ᠢᠶᠡᠨ ᠬᠥᠷᠦᠩᠭᠡ ᠣᠷᠣᠭᠤᠯᠤᠭᠴᠢᠳ ᠲᠤ ᠲᠠᠨᠢᠯᠴᠠᠭᠤᠯᠤᠨ ᠴᠠᠷ᠎ᠠ ᠲᠠᠬᠤᠯ ᠤᠨ ᠳᠠᠷᠠᠭᠠᠬᠢ ᠡᠳ᠋ ᠍ ᠦᠨ ᠵᠠᠰᠠᠭ ᠤᠨ ᠦᠰᠦᠯᠲᠡ ᠶᠢᠨ ᠡᠶᠡᠷᠡᠭ ᠥᠭᠡᠷᠡᠴᠢᠯᠡᠯᠲᠡ ᠶᠢᠨ ᠰᠠᠯᠬᠢ ᠰᠡᠪᠡᠯᠵᠡᠵᠦ ᠪᠤᠢ ᠡᠨᠡ ᠴᠠᠭ ᠦᠶ᠎ᠡ ᠳᠦ ᠮᠣᠩᠭᠣᠯ ᠤᠯᠤᠰ ᠬᠥᠷᠦᠩᠭᠡ ᠣᠷᠣᠭᠤᠯᠤᠭᠴᠢᠳ ᠤᠨ ᠡᠮᠦᠨ᠎ᠡ ᠬᠠᠷᠢᠭᠤᠴᠠᠯᠭ᠎ᠠ ᠲᠠᠢ᠂ ᠬᠠᠷᠢᠯᠴᠠᠨ ᠠᠰᠢᠭᠲᠠᠢ᠂ ᠨᠠᠶᠢᠷᠰᠠᠭ᠂ ᠢᠲᠡᠭᠡᠯᠲᠦ ᠲᠦᠩᠰᠢ ᠪᠠᠶᠢᠵᠤ ᠬᠠᠮᠲᠤ ᠳᠤ ᠪᠠᠨ ᠬᠥᠭᠵᠢᠬᠦ ᠶᠢ ᠡᠷᠡᠮᠡᠯᠵᠡᠵᠦ ᠪᠤᠢ ᠶᠢ ᠪᠠᠨ ᠢᠯᠡᠷᠬᠡᠶᠢᠯᠡᠯ᠎ᠡ᠃