《ᠮᠣᠩᠭᠣᠯ ᠤᠨ ᠲᠡᠮᠦᠷ ᠵᠠᠮ》 ᠲᠥᠷᠦ ᠶᠢᠨ ᠥᠮᠴᠢ ᠶᠢᠨ ᠬᠤᠪᠢᠴᠠᠭᠠᠲᠤ ᠺᠣᠮᠫᠠᠨᠢ ᠪᠣᠭᠣᠮᠲᠠ ᠶᠢᠨ ᠰᠡᠷᠭᠦᠯᠲᠡ ᠶᠢᠨ ᠬᠦᠷᠢᠶᠡᠨ ᠳᠦ ᠲᠡᠮᠦᠷ ᠵᠠᠮ ᠤᠨ ᠲᠥᠰᠦᠯ ᠦᠳ ᠢ ᠡᠷᠴᠢᠮᠵᠢᠭᠦᠯᠵᠦ ᠪᠠᠶᠢᠨ᠎ᠠ
ᠡᠨᠡ ᠡᠳᠦᠷ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠦᠨ ᠭᠦᠢᠴᠡᠳᠭᠡᠬᠦ ᠵᠠᠬᠢᠷᠤᠯ ᠫ ∙ ᠭᠠᠨᠬᠦᠦ 《ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ ᠲᠡᠭᠡᠭᠡᠪᠦᠷᠢᠯᠡᠯᠲᠡ᠂ ᠰᠢᠨ᠎ᠡ ᠪᠡᠷ ᠪᠠᠷᠢᠭᠳᠠᠬᠤ ᠲᠡᠮᠦᠷ ᠵᠠᠮ ᠤᠳ》 ᠰᠡᠳᠦᠪ ᠢᠶᠡᠷ ᠰᠡᠳᠬᠦᠯᠴᠢᠳ ᠲᠦ ᠮᠡᠳᠡᠭᠡᠯᠡᠯ ᠥᠭᠭᠦᠯ᠎ᠡ᠃ ᠲᠡᠷᠡᠪᠡᠷ 《 ᠮᠣᠩᠭᠣᠯ ᠤᠯᠤᠰ ᠤᠨ ᠵᠠᠰᠠᠭ ᠤᠨ ᠭᠠᠵᠠᠷ ᠤᠨ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠦ ᠪᠣᠭᠣᠮᠲᠠ ᠶᠢᠨ ᠰᠡᠷᠭᠦᠯᠲᠡ ᠶᠢ ᠴᠢᠬᠤᠯᠠᠴᠢᠯᠠᠵᠤ ᠦᠵᠡᠵᠦ ᠪᠠᠶᠢᠭ᠎ᠠ᠃ ᠡᠨᠡ ᠬᠦᠷᠢᠶᠡᠨ ᠳᠦ 《ᠮᠣᠩᠭᠣᠯ ᠤᠨ ᠲᠡᠮᠦᠷ ᠵᠠᠮ》ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠦᠨ ᠬᠤᠪᠢ ᠳᠤ 2022 ᠣᠨ ᠤ ᠰᠡᠭᠦᠯ ᠦᠨ ᠬᠠᠭᠠᠰ ᠵᠢᠯ᠂ 2023 ᠣᠨ ᠳᠤ ᠪᠦᠲᠦᠭᠡᠨ ᠪᠠᠶᠢᠭᠤᠯᠤᠯᠲᠠ ᠶᠢᠨ ᠠᠵᠢᠯ ᠡᠷᠴᠢᠮᠲᠡᠢ ᠪᠠᠶᠢᠨ᠎ᠠ᠃ ᠵᠠᠰᠠᠭ ᠤᠨ ᠭᠠᠵᠠᠷ ᠠᠴᠠ ᠪᠠᠷᠠᠭᠤᠨ ᠪᠣᠯᠤᠨ ᠵᠡᠭᠦᠨ ᠪᠣᠰᠤᠭ᠎ᠠ ᠴᠢᠭᠯᠡᠯ ᠦᠨ ᠲᠡᠮᠦᠷ ᠵᠠᠮ ᠤᠨ ᠺᠣᠨᠼᠧᠰ ᠤᠨ ᠡᠷᠬᠡ ᠶᠢ ᠮᠣᠩᠭᠣᠯ ᠤᠨ ᠲᠡᠮᠦᠷ ᠵᠠᠮ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠳᠦ ᠣᠯᠭᠤᠭᠰᠠᠨ᠃ ᠡᠭᠦᠨ ᠦ ᠳᠠᠭᠠᠤ ᠡᠨᠡ ᠵᠢᠯ ᠰᠢᠪᠡᠭᠡᠬᠦᠷᠢᠨ-ᠰᠡᠬᠡᠭᠡ᠂ ᠪᠢᠴᠢᠭ ᠲᠦ-ᠵᠡᠭᠦᠨᠬᠠᠲᠤᠪᠠᠴᠤ ᠪᠣᠭᠣᠮᠲᠠ ᠶᠢᠨ ᠲᠡᠮᠦᠷ ᠵᠠᠮ ᠢ ᠪᠠᠷᠢᠬᠤ ᠪᠡᠯᠡᠳᠬᠡᠯ ᠠᠵᠢᠯ ᠪᠦᠷᠢᠨ ᠬᠠᠩᠭᠠᠭᠳᠠᠭᠰᠠᠨ᠃ ᠡᠬᠢᠨ ᠦ ᠡᠭᠡᠯᠵᠢ ᠳᠦ ᠪᠢᠴᠢᠭ ᠲᠦ-ᠵᠡᠭᠦᠨᠬᠠᠲᠤᠪᠠᠴᠤ ᠪᠣᠭᠣᠮᠲᠠ ᠶᠢᠨ ᠲᠡᠮᠦᠷ ᠵᠠᠮ ᠢ ᠪᠠᠷᠢᠬᠤ ᠪᠠᠷ ᠲᠥᠯᠥᠪᠯᠡᠵᠦ ᠪᠠᠶᠢᠭ᠎ᠠ᠃ ᠰᠢᠪᠡᠭᠡᠬᠦᠷᠢᠨ-ᠰᠡᠬᠡᠭᠡ ᠪᠣᠭᠣᠮᠲᠠ ᠶᠢᠨ ᠬᠤᠪᠢ ᠳᠤ ᠴᠤ ᠮᠥᠨ ᠢᠯᠭᠠᠭ᠎ᠠ ᠦᠭᠡᠢ᠃ ᠡᠬᠢᠯᠡᠵᠦ ᠬᠢᠯᠢ ᠬᠣᠯᠪᠣᠯᠲᠠ ᠶᠢᠨ ᠲᠡᠮᠦᠷ ᠵᠠᠮ ᠢᠶᠠᠨ ᠪᠠᠷᠢᠨ᠎ᠠ᠃ ᠲᠤᠬᠠᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠦ ᠵᠠᠮ᠂ ᠲᠡᠭᠡᠭᠡᠪᠦᠷᠢ ᠶᠢᠨ ᠬᠥᠭᠵᠢᠯ ᠦᠨ ᠶᠠᠮᠤ᠂ ᠭᠠᠳᠠᠭᠠᠳᠤ ᠬᠠᠷᠢᠯᠴᠠᠭᠠᠨ ᠤ ᠶᠠᠮᠤ ᠬᠢᠲᠠᠳ ᠤᠨ ᠲᠠᠯ᠎ᠠ ᠲᠠᠢ ᠲᠣᠬᠢᠷᠠᠯᠴᠠᠨ᠂ ᠮᠣᠩᠭᠣᠯ ᠤᠨ ᠲᠡᠮᠦᠷ ᠵᠠᠮ ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠳᠣᠯᠣᠳᠤᠭᠠᠷ ᠰᠠᠷ᠎ᠠ ᠳᠤ ᠡᠬᠢᠨ ᠦ ᠲᠡᠭᠡᠭᠡᠪᠦᠷᠢ ᠶᠢ ᠶᠠᠪᠤᠭᠤᠯᠬᠤ ᠲᠥᠯᠥᠪᠯᠡᠭᠡ ᠲᠡᠢ ᠠᠵᠢᠯᠯᠠᠵᠤ ᠪᠠᠶᠢᠨ᠎ᠠ᠃ ᠪᠣᠭᠣᠮᠲᠠ ᠶᠢᠨ ᠰᠡᠷᠭᠦᠯᠲᠡ ᠶᠢᠨ ᠲᠣᠮᠣ ᠦᠷ᠎ᠡ ᠳᠦᠩ ᠳᠡᠭᠡᠷᠡᠬᠢ ᠠᠰᠠᠭᠤᠳᠠᠯ ᠳᠡᠭᠡᠷ᠎ᠡ ᠭᠠᠷᠬᠤ ᠶᠣᠰᠣᠲᠠᠢ᠃ ᠬᠣᠶᠠᠳᠤᠭᠠᠷ ᠲᠤ᠂ ᠨᠡᠭᠦᠷᠡᠰᠦᠨ ᠦ ᠡᠺᠰᠫᠣᠷᠲ ᠢ ᠨᠡᠮᠡᠭᠳᠡᠭᠦᠯᠬᠦ ᠵᠠᠮ ᠢᠶᠠᠷ ᠭᠠᠳᠠᠭᠠᠳᠤ ᠸᠠᠯᠦᠲ᠋ᠠ ᠶᠢᠨ ᠨᠥᠭᠡᠴᠡ ᠶᠢ ᠨᠡᠮᠡᠭᠳᠡᠭᠦᠯᠬᠦ ᠵᠣᠷᠢᠯᠲᠠ ᠲᠠᠯᠪᠢᠨ ᠠᠵᠢᠯᠯᠠᠵᠤ ᠪᠠᠶᠢᠭ᠎ᠠ ᠬᠡᠮᠡᠨ ᠣᠨᠴᠠᠯᠠᠭᠰᠠᠨ ᠶᠤᠮ᠃ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416᠂1 ᠺᠢᠯᠣᠮᠧᠲ᠋ᠷ ᠲᠡᠮᠦᠷ ᠵᠠᠮ ᠢᠶᠠᠷ 2022 ᠣᠨ ᠳᠤ 729᠂5 ᠮᠢᠩᠭᠠᠨ ᠲᠣᠨ ᠠᠴᠢᠶ᠎ᠠ ᠲᠡᠭᠡᠭᠡᠪᠦᠷᠢᠯᠡᠯ᠎ᠡ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ 《ᠲᠠᠪᠤᠨᠲᠣᠯᠣᠭᠠᠢ-ᠵᠡᠭᠦᠨᠪᠠᠶᠠᠨ》 ᠴᠢᠭᠯᠡᠯ ᠦᠨ ᠲᠡᠮᠦᠷ ᠵᠠᠮ ᠤᠨ ᠲᠤᠷᠰᠢᠯᠲᠠ ᠶᠢᠨ ᠲᠡᠭᠡᠭᠡᠪᠦᠷᠢ ᠪᠤᠶᠤ ᠵᠦᠭᠰᠢᠷᠡᠭᠦᠯᠬᠦ ᠲᠡᠭᠡᠭᠡᠪᠦᠷᠢᠯᠡᠯᠲᠡ ᠶᠢ 2022 ᠣᠨ ᠤ 03 ᠳ᠋ᠤᠭᠠᠷ ᠰᠠᠷ᠎ᠠ ᠳᠤ ᠡᠬᠢᠯᠡᠭᠦᠯᠦᠭᠰᠡᠨ᠃ 2022 ᠣᠨ ᠤ 03 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠶᠢ ᠳᠠᠭᠤᠰᠲᠠᠯ᠎ᠠ ᠨᠡᠶᠢᠲᠡ 729᠂5 ᠮᠢᠩᠭᠠᠨ ᠲᠣᠨ ᠠᠴᠢᠶ᠎ᠠ ᠶᠢ 《ᠲᠠᠪᠤᠨᠲᠣᠯᠣᠭᠠᠢ-ᠵᠡᠭᠦᠨᠪᠠᠶᠠᠨ》 ᠴᠢᠭᠯᠡᠯ ᠦᠨ ᠲᠡᠮᠦᠷ ᠵᠠᠮ ᠢᠶᠠᠷ ᠲᠡᠭᠡᠭᠡᠪᠦᠷᠢᠯᠡᠭᠰᠡᠨ᠃ ᠡᠭᠦᠨ ᠡᠴᠡ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠢᠶᠠᠷ᠄ ᠰᠠᠶᠢᠵᠢᠷᠠᠭᠤᠯᠤᠭᠰᠠᠨ ᠰᠢᠬᠠᠮᠠᠯ ᠲᠦᠯᠡᠰᠢᠨ ᠦ ᠲᠦᠭᠦᠬᠡᠢ ᠡᠳ᠋ ᠍ ᠮ᠎ᠡ ᠳᠦᠯᠢᠩ ᠢ-121᠂2 ᠮᠢᠩᠭᠠᠨ ᠲᠣᠨ ᠡᠺᠰᠫᠣᠷᠲ ᠤᠨ ᠨᠡᠭᠦᠷᠡᠰᠦ 136᠂7 ᠮᠢᠩᠭᠠᠨ ᠲᠣᠨ ᠣᠷᠣᠨ ᠨᠤᠲᠤᠭ ᠤᠨ ᠲᠡᠭᠡᠭᠡᠪᠦᠷᠢ᠂ ᠬᠣᠭᠣᠰᠣᠨ ᠴᠢᠩᠭᠡᠯᠢᠭ ᠭᠡᠬᠦ ᠮᠡᠲᠦ 35᠂8 ᠮᠢᠩᠭᠠᠨ ᠲᠣᠨ ᠵᠡᠭᠦᠨᠪᠠᠶᠠᠨ-ᠬᠠᠩᠭᠢ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠠᠴᠢᠶ᠎ᠠ 436 ᠮᠢᠩᠭᠠᠨ ᠲᠣᠨ ᠠᠴᠢᠶ᠎ᠠ ᠶᠢ ᠲᠤᠰ ᠲᠤᠰ ᠲᠡᠭᠡᠭᠡᠪᠦᠷᠢᠯᠡᠭᠰᠡᠨ᠃ ᠲᠡᠭᠦᠨᠴᠢᠯᠡᠨ 2023 ᠣᠨ ᠭᠠᠷᠤᠭᠰᠠᠨ ᠢᠶᠠᠷ ᠵᠦᠭᠰᠢᠷᠡᠭᠦᠯᠬᠦ ᠲᠡᠭᠡᠭᠡᠪᠦᠷᠢᠯᠡᠯᠲᠡ ᠶᠢ ᠦᠷᠭᠦᠯᠵᠢᠯᠡᠭᠦᠯᠦᠨ ᠭᠦᠢᠴᠡᠳᠭᠡᠵᠦ ᠪᠠᠶᠢᠨ᠎ᠠ᠃ ᠡᠨᠡ ᠣᠨ ᠤ 01 ᠳᠦᠭᠡᠷ ᠰᠠᠷ᠎ᠠ ᠶᠢᠨ 31 ᠍ ᠦ ᠡᠳᠦᠷ ᠦᠨ ᠪᠠᠶᠢᠳᠠᠯ ᠢᠶᠠᠷ 《ᠲᠠᠪᠤᠨᠲᠣᠯᠣᠭᠠᠢ-ᠵᠡᠭᠦᠨᠪᠠᠶᠠᠨ》 ᠴᠢᠭᠯᠡᠯ ᠦᠨ ᠲᠡᠮᠦᠷ ᠵᠠᠮ ᠢᠶᠠᠷ ᠤᠯᠠᠭᠠᠨᠪᠠᠭᠠᠲᠤᠷ ᠬᠣᠲᠠ ᠶᠢ ᠤᠲᠤᠭ᠎ᠠ ᠦᠭᠡᠢ ᠲᠦᠯᠡᠰᠢ ᠪᠡᠷ ᠬᠠᠩᠭᠠᠬᠤ ᠨᠡᠶᠢᠭᠡᠮ ᠤᠨ ᠬᠠᠷᠢᠭᠤᠴᠠᠯᠭ᠎ᠠ ᠶᠢᠨ ᠬᠦᠷᠢᠶᠡᠨ ᠳᠦ 《ᠲᠠᠪᠤᠨᠲᠣᠯᠣᠭᠠᠢ ᠲᠦᠯᠡᠰᠢ》 ХХК ᠍ ᠦᠨ 38᠂5 ᠮᠢᠩᠭᠠᠨ ᠲᠣᠨ ᠰᠠᠶᠢᠵᠢᠷᠠᠭᠤᠯᠤᠭᠰᠠᠨ ᠰᠢᠬᠠᠮᠠᠯ ᠲᠦᠯᠡᠰᠢᠨ ᠦ ᠲᠦᠭᠦᠬᠡᠢ ᠡᠳ᠋ ᠍ ᠮ᠎ᠡ ᠳᠦᠯᠢᠩ ᠦᠨ ᠲᠡᠭᠡᠭᠡᠪᠦᠷᠢᠯᠡᠯᠲᠡ ᠶᠢ ᠬᠢᠭᠡᠳ ᠪᠠᠶᠢᠨ᠎ᠠ᠃ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416᠂1 ᠺᠢᠯᠣᠮᠧᠲ᠋ᠷ ᠲᠡᠮᠦᠷ ᠵᠠᠮ ᠤᠨ ᠥᠷᠲᠡᠭᠡ ᠵᠥᠷᠢᠯᠭᠡ ᠶᠢ ᠳᠣᠬᠢᠶᠠᠯᠠᠯ ᠬᠣᠯᠪᠣᠭᠠᠨ ᠤ ᠪᠠᠶᠢᠭᠤᠯᠤᠮᠵᠢ᠂ ᠭᠠᠳᠠᠨ᠎ᠠ ᠢᠨᠵᠧᠨᠧᠷ ᠦᠨ ᠱᠤᠭᠤᠮ ᠰᠦᠯᠵᠢᠶ᠎ᠡ ᠶᠢ ᠴᠣᠭᠴᠠ ᠪᠠᠷ ᠨᠢ ᠰᠢᠢᠳᠡᠭᠰᠡᠨ᠃ ᠮᠥᠨ ᠳᠡᠳ᠋ ᠪᠦᠲᠦᠴᠡ ᠲᠡᠢ ᠵᠡᠬᠡᠯᠲᠡ ᠶᠢᠨ ᠳ᠋ᠧᠫᠣ ᠪᠣᠯᠤᠨ ᠵᠠᠮ ᠵᠠᠰᠠᠪᠤᠷᠢ ᠶᠢᠨ ᠪᠠᠷᠢᠯᠭ᠎ᠠ ᠪᠠᠶᠢᠭᠤᠯᠤᠮᠵᠢ ᠶᠢ ᠠᠰᠢᠭᠯᠠᠯᠲᠠ ᠳᠤ ᠣᠷᠣᠭᠤᠯᠤᠭᠰᠠᠨ᠃ ᠲᠠᠪᠤᠨᠲᠣᠯᠣᠭᠠᠢ-ᠵᠡᠭᠦᠨᠪᠠᠶᠠᠨ᠂ ᠲᠠᠪᠤᠨᠲᠣᠯᠣᠭᠠᠢ-ᠭᠠᠰᠢᠭᠤᠨᠠᠰᠤᠬᠠᠢ ᠳᠤ ᠴᠢᠭᠯᠡᠯ ᠦᠨ ᠲᠡᠮᠦᠷ ᠵᠠᠮ ᠢᠶᠠᠷ 7.8 ᠰᠠᠶ᠎ᠠ ᠲᠣᠨ ᠠᠴᠢᠶ᠎ᠠ ᠲᠡᠭᠡᠭᠡᠪᠦᠷᠢᠯᠡᠨ᠎ᠡ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ 2023 ᠣᠨ ᠳᠤ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠢᠶᠠᠷ 5 ᠰᠠᠶ᠎ᠠ ᠲᠨ᠂ ᠲᠠᠪᠤᠨᠲᠣᠯᠣᠭᠠᠢ-ᠭᠠᠰᠢᠭᠤᠨᠠᠰᠤᠬᠠᠢ ᠳᠤ ᠴᠢᠭᠯᠡᠯ ᠦᠨ ᠲᠡᠮᠦᠷ ᠵᠠᠮ ᠢᠶᠠᠷ 2᠂8 ᠰᠠᠶ᠎ᠠ ᠲᠣᠨ ᠠᠴᠢᠶ᠎ᠠ ᠲᠡᠭᠡᠭᠡᠪᠦᠷᠢᠯᠡᠬᠦ ᠲᠥᠯᠥᠪᠯᠡᠭᠡ ᠲᠡᠢ ᠠᠵᠢᠯᠯᠠᠵᠤ ᠪᠠᠶᠢᠨ᠎ᠠ᠃ ᠮᠣᠩᠭᠣᠯ ᠤᠨ ᠲᠡᠮᠦᠷ ᠵᠠᠮ ᠲᠥᠷᠦ ᠶᠢᠨ ᠥᠮᠴᠢ ᠶᠢᠨ ᠬᠤᠪᠢᠴᠠᠭᠠᠲᠤ ᠺᠣᠮᠫᠠᠨᠢ ᠲᠡᠮᠦᠷ ᠵᠠᠮ ᠤᠨ ᠲᠡᠭᠡᠭᠡᠪᠦᠷᠢ ᠶᠢᠨ ᠦᠢᠯᠡ ᠠᠵᠢᠯᠯᠠᠭ᠎ᠠ ᠶᠢ ᠨᠢᠭᠡᠳᠦᠭᠰᠡᠨ ᠤᠳᠤᠷᠢᠳᠤᠯᠭ᠎ᠠ ᠪᠠᠷ ᠬᠠᠩᠭᠠᠨ᠎ᠠ ᠵᠠᠰᠠᠭ ᠤᠨ ᠭᠠᠵᠠᠷ ᠤᠨ 434 ᠳᠦᠭᠡᠷ ᠲᠣᠭᠲᠠᠭᠠᠯ ᠢᠶᠠᠷ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠳᠦ ᠵᠡᠭᠦᠨᠪᠠᠶᠠᠨ ХХК ᠍ ᠢ ᠨᠢᠭᠡᠳᠬᠡᠬᠦ᠂ 435 ᠳ᠋ᠤᠭᠠᠷ ᠲᠣᠭᠣᠭᠠᠯᠠᠷ᠎ᠠ ᠲᠠᠪᠤᠨᠲᠣᠯᠣᠭᠠᠢ ᠲᠡᠮᠦᠷ ᠵᠠᠮ ХХК ᠍ ᠦᠨ ᠬᠤᠪᠢᠴᠠᠭ᠎ᠠ ᠡᠵᠡᠮᠰᠢᠬᠦ ᠡᠷᠬᠡ ᠶᠢ ᠬᠡᠷᠡᠭᠵᠢᠭᠦᠯᠵᠦ᠂ ᠨᠢᠭᠡᠳᠦᠭᠰᠡᠨ ᠤᠳᠤᠷᠢᠳᠤᠯᠭ᠎ᠠ ᠪᠠᠷ ᠬᠠᠩᠭᠠᠨ ᠠᠵᠢᠯᠯᠠᠬᠤ ᠡᠷᠬᠡ ᠶᠢ 2022 ᠣᠨ ᠤ 11 ᠳ᠋ᠦᠭ ᠢᠶᠡᠷ ᠰᠠᠷ᠎ᠠ ᠶᠢᠨ 30 ᠍ ᠤ ᠡᠳᠦᠷ ᠣᠯᠭᠤᠭᠰᠠᠨ᠃ ᠡᠶᠢᠨᠬᠦᠦ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ ᠲᠡᠮᠦᠷ ᠵᠠᠮ ᠤᠨ ᠰᠠᠭᠤᠷᠢ ᠪᠦᠲᠦᠴᠡ ᠶᠢᠨ ᠲᠥᠷᠥ ᠶᠢᠨ ᠥᠮᠴᠢ ᠶᠢᠨ ᠠᠰᠢᠭᠯᠠᠯᠲᠠ ᠶᠢ ᠰᠠᠶᠢᠵᠢᠷᠠᠭᠤᠯᠬᠤ᠂ ᠴᠢᠭ ᠡᠭᠦᠷᠭᠡ ᠶᠢᠨ ᠳᠠᠪᠬᠤᠷᠳᠠᠯ ᠢ ᠠᠷᠢᠯᠭᠠᠬᠤ᠂ ᠲᠡᠮᠦᠷ ᠵᠠᠮ ᠤᠨ ᠲᠡᠭᠡᠭᠡᠪᠦᠷᠢ ᠶᠢᠨ ᠦᠢᠯᠡ ᠠᠵᠢᠯᠯᠠᠭ᠎ᠠ ᠶᠢ ᠨᠢᠭᠡᠳᠦᠭᠰᠡᠨ ᠨᠢᠭᠡ ᠤᠳᠤᠷᠢᠳᠤᠯᠭ᠎ᠠ ᠪᠠᠷ ᠬᠠᠩᠭᠠᠬᠤ᠂ ᠲᠥᠷᠥ ᠡᠴᠡ ᠬᠡᠷᠡᠭᠵᠢᠭᠦᠯᠬᠦ ᠪᠣᠳᠣᠯᠭ᠎ᠠ ᠰᠢᠢᠳᠪᠦᠷᠢ ᠶᠢ ᠰᠢᠭᠤᠷᠬᠠᠢ ᠵᠣᠬᠢᠶᠠᠨ ᠪᠠᠶᠢᠭᠤᠯᠬᠤ ᠣᠨᠴᠠᠭᠠᠢ ᠡᠭᠦᠷᠭᠡ ᠴᠢᠢᠭᠯᠡᠯᠲᠡᠢ ᠪᠡᠷ ᠠᠵᠢᠯᠯᠠᠵᠤ ᠪᠠᠶᠢᠨ᠎ᠠ᠃ 《ᠮᠣᠩᠭᠣᠯ ᠤᠨ ᠲᠡᠮᠦᠷ ᠵᠠᠮ》 ᠺᠣᠮᠫᠠᠨᠢ ᠨᠢ ᠵᠠᠰᠠᠭ ᠤᠨ ᠭᠠᠵᠠᠷ ᠤᠨ ᠡᠨᠡᠬᠦ ᠲᠣᠭᠲᠠᠭᠠᠯ ᠤᠨ ᠬᠦᠷᠢᠶᠡᠨ ᠳᠦ ᠪᠦᠲᠦᠴᠡ ᠣᠷᠣᠨ ᠲᠣᠭᠠᠨ ᠤ ᠰᠢᠨᠡᠴᠢᠯᠡᠯᠲᠡ ᠶᠢ ᠪᠣᠯᠪᠠᠰᠤᠷᠠᠭᠤᠯᠵᠤ᠂ ᠮᠡᠷᠭᠡᠵᠢᠯ ᠦᠨ ᠪᠣᠯᠪᠠᠰᠤᠨ ᠬᠦᠴᠦᠨ ᠦ ᠨᠥᠭᠡᠴᠡ ᠶᠢᠨ ᠪᠦᠷᠢᠳᠦᠭᠦᠯᠦᠯᠲᠡ ᠶᠢ ᠬᠢᠵᠦ ᠪᠠᠶᠢᠨ᠎ᠠ᠃ ᠡᠺᠰᠫᠣᠷᠲ ᠤᠨ ᠰᠢᠨ᠎ᠡ ᠭᠠᠷᠴᠠ ᠠᠷᠴᠰᠠᠭᠤᠷᠢ-ᠨᠠᠷᠢᠨᠰᠤᠬᠠᠢ ᠳᠤ-ᠰᠢᠪᠡᠭᠡᠬᠦᠷᠢᠨ᠂ ᠴᠣᠶᠢᠪᠠᠯᠰᠠᠩ-ᠬᠥ᠋ ᠍ ᠳᠦ-ᠪᠢᠴᠢᠭ ᠲᠦ ᠴᠢᠭᠯᠡᠯ ᠦᠨ ᠲᠡᠮᠦᠷ ᠵᠠᠮ ᠵᠠᠰᠠᠭ ᠤᠨ ᠭᠠᠵᠠᠷ ᠠᠴᠠ ᠬᠡᠷᠡᠭᠵᠢᠭᠦᠯᠵᠦ ᠪᠤᠢ ᠰᠢᠨ᠎ᠡ ᠰᠡᠷᠭᠦᠯᠲᠡ ᠶᠢᠨ ᠪᠣᠳᠣᠯᠭ᠎ᠠ ᠶᠢᠨ ᠬᠦᠷᠢᠶᠡᠨ ᠳᠦ ᠵᠠᠰᠠᠭ ᠤᠨ ᠭᠠᠵᠠᠷ ᠤᠨ 2022 ᠣᠨ ᠤ 116 ᠲᠣᠭᠠᠲᠤ ᠲᠣᠭᠲᠠᠭᠠᠯ ᠭᠠᠷᠴᠤ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠦᠨ ᠣᠷᠣᠯᠴᠠᠭ᠎ᠠ ᠲᠠᠢ ᠺᠣᠨᠼᠧᠰ ᠤᠨ《ᠵᠢᠷᠤᠭ ᠲᠥᠰᠥᠯ ᠪᠣᠯᠪᠠᠰᠤᠷᠠᠭᠤᠯᠬᠤ ᠪᠠᠷᠢᠬᠤ ᠠᠰᠢᠭᠯᠠᠬᠤ ᠰᠢᠯᠵᠢᠭᠦᠯᠬᠦ》 ᠲᠥᠷᠥᠯ ᠢᠶᠡᠷ ᠴᠣᠶᠢᠪᠠᠯᠰᠠᠩ-ᠬᠥᠲᠦ-ᠪᠢᠴᠢᠭ ᠲᠦ ᠴᠢᠭᠯᠡᠯ ᠦᠨ 420 ᠭᠠᠷᠤᠢ ᠺᠮ᠂ ᠠᠷᠴᠰᠠᠭᠤᠷᠢ-ᠨᠠᠷᠢᠨᠰᠤᠬᠠᠢ ᠳᠤ-ᠰᠢᠪᠡᠭᠡᠬᠦᠷᠢᠨ ᠴᠢᠭᠯᠡᠯ ᠦᠨ 1300 ᠣᠷᠴᠢᠮ ᠺᠮ ᠲᠡᠮᠦᠷ ᠵᠠᠮ ᠤᠨ ᠲᠥᠰᠥᠯ ᠢ ᠭᠠᠳᠠᠭᠠᠳᠤ ᠳᠣᠲᠣᠭᠠᠳᠤ ᠶᠢᠨ ᠬᠥᠷᠥᠩᠭᠡ ᠣᠷᠣᠭᠤᠯᠤᠭᠴᠢᠳ ᠠᠴᠠ ᠰᠣᠩᠭᠣᠨ᠂ ᠲᠥᠰᠥᠯ ᠦᠨ ᠲᠤᠰᠬᠠᠢ ᠵᠣᠷᠢᠭᠤᠯᠤᠯᠲᠠ ᠶᠢᠨ ᠺᠣᠮᠫᠠᠨᠢ ᠪᠠᠶᠢᠭᠤᠯᠵᠤ ᠬᠠᠮᠲᠤᠷᠠᠨ ᠬᠡᠷᠡᠭᠵᠢᠭᠦᠯᠬᠦ ᠶᠢ ᠳᠠᠭᠠᠭᠠᠯᠭᠠᠭᠰᠠᠨ᠃ ᠤᠭ ᠲᠣᠭᠲᠠᠭᠠᠯ ᠤᠨ ᠬᠡᠷᠡᠭᠵᠢᠯᠲᠡ ᠶᠢᠨ ᠬᠦᠷᠢᠶᠡᠨ ᠳᠦ ᠪᠠᠷᠠᠭᠤᠨ ᠪᠣᠰᠤᠭ᠎ᠠ᠂ ᠵᠡᠭᠦᠨ ᠪᠣᠰᠤᠭ᠎ᠠ ᠴᠢᠭᠯᠡᠯ ᠦᠨ ᠲᠡᠮᠦᠷ ᠵᠠᠮ ᠤᠨ ᠲᠥᠰᠥᠯ ᠦᠳ ᠢ ᠬᠠᠮᠲᠤᠷᠠᠨ ᠬᠡᠷᠡᠭᠵᠢᠭᠦᠯᠬᠦ ᠬᠥᠷᠥᠩᠭᠡ ᠣᠷᠣᠭᠤᠯᠤᠭᠴᠢ ᠶᠢ ᠰᠣᠩᠭᠣᠨ ᠰᠢᠯᠭᠠᠷᠠᠭᠤᠯᠬᠤ ᠠᠵᠢᠯ ᠢ ᠳᠠᠭᠤᠰᠬᠠᠭᠰᠠᠨ᠃ 2023 ᠣᠨ ᠳᠤ᠄ - ᠰᠢᠪᠡᠭᠡᠬᠦᠷᠢᠨ-ᠰᠢᠨᠡᠵᠢᠩᠰᠡ ᠳᠦ ᠴᠢᠭᠯᠡᠯ ᠳᠦ ᠡᠬᠢᠨ ᠦ 300 ᠺᠢᠯᠣᠮᠧᠲ᠋ᠷ ᠪᠢᠴᠢᠭ ᠲᠦ-ᠬᠥᠲᠴᠢᠭᠯᠡᠯ ᠳᠦ ᠡᠬᠢᠨ ᠦ 100 ᠺᠢᠯᠣᠮᠧᠲ᠋ᠷ ᠲᠡᠮᠦᠷ ᠵᠠᠮ ᠤᠨ ᠲᠥᠰᠥᠯ ᠦᠨ ᠪᠦᠲᠦᠭᠡᠨ ᠪᠠᠶᠢᠭᠤᠯᠤᠯᠲᠠ ᠶᠢ ᠠᠵᠢᠯ ᠢ ᠭᠦᠢᠴᠡᠳᠭᠡᠬᠦ ᠲᠥᠯᠥᠪᠯᠡᠭᠡ ᠲᠡᠢ ᠪᠠᠶᠢᠨ᠎ᠠ᠃ ᠪᠣᠭᠣᠮᠲᠠ ᠶᠢᠨ ᠰᠡᠷᠭᠦᠯᠲᠡ᠄ ᠪᠢᠴᠢᠭ ᠲᠦ-ᠵᠡᠭᠦᠨᠬᠠᠲᠤᠪᠠᠴᠤ-ᠰᠢᠪᠡᠭᠡᠬᠦᠷᠢᠨ-ᠰᠡᠬᠡᠭᠡ ᠪᠣᠭᠣᠮᠲᠠ ᠶᠢᠨ ᠲᠡᠮᠦᠷ ᠵᠠᠮ ᠢ ᠡᠨᠡ ᠣᠨ ᠳᠤ ᠪᠠᠷᠢᠨ᠎ᠠ ᠵᠠᠰᠠᠭ ᠤᠨ ᠭᠠᠵᠠᠷ ᠤᠨ ᠰᠢᠨ᠎ᠡ ᠰᠡᠷᠭᠦᠯᠲᠡ ᠶᠢᠨ ᠪᠣᠳᠣᠯᠭ᠎ᠠ ᠳᠤ ᠲᠤᠰᠬᠠᠭᠳᠠᠭᠰᠠᠨ ᠪᠣᠭᠣᠮᠲᠠ ᠶᠢᠨ ᠰᠡᠷᠭᠦᠯᠲᠡ ᠶᠢᠨ ᠬᠦᠷᠢᠶᠡᠨ ᠳᠦ 2022 ᠣᠨ ᠤ ᠰᠡᠭᠦᠯ ᠦᠨ ᠬᠠᠭᠠᠰ᠂ 2023 ᠣᠨ ᠳᠤ ᠪᠦᠲᠦᠭᠡᠨ ᠪᠠᠶᠢᠭᠤᠯᠤᠯᠲᠠ ᠶᠢ ᠡᠷᠴᠢᠮᠵᠢᠭᠦᠯᠦᠨ ᠠᠵᠢᠯᠯᠠᠵᠤ ᠪᠠᠶᠢᠨ᠎ᠠ᠃ ᠵᠠᠰᠠᠭ ᠤᠨ ᠭᠠᠵᠠᠷ ᠤᠨ 446 ᠳ᠋ᠤᠭᠠᠷ ᠲᠣᠭᠲᠠᠭᠠᠯ ᠢᠶᠠᠷ ᠮᠣᠩᠭᠣᠯ᠂ ᠬᠢᠲᠠᠳ ᠤᠨ ᠬᠢᠯᠢ ᠶᠢᠨ ᠰᠢᠪᠡᠭᠡᠬᠦᠷᠢᠨ-ᠰᠡᠬᠡᠭᠡ᠂ ᠪᠢᠴᠢᠭ ᠲᠦ-ᠵᠡᠭᠦᠨᠬᠠᠲᠤᠪᠠᠴᠤ ᠪᠣᠭᠣᠮᠲᠠ ᠶᠢᠨ ᠬᠢᠯᠢ ᠳᠠᠮᠨᠠᠭᠰᠠᠨ ᠲᠡᠮᠦᠷ ᠵᠠᠮ ᠤᠨ ᠲᠧᠭᠨᠢᠭ ᠦᠨ ᠨᠥᠬᠥᠴᠡᠯ᠂ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠢᠶᠠᠷ ᠬᠢᠲᠠᠳ ᠤᠨ ᠲᠠᠯ᠎ᠠ ᠲᠠᠢ ᠬᠡᠯᠡᠯᠴᠡᠭᠡ ᠬᠢᠵᠦ᠂ ᠨᠠᠷᠢᠪᠴᠢᠯᠠᠨ ᠲᠣᠬᠢᠷᠠᠯᠴᠠᠬᠤ ᠠᠵᠢᠯ ᠢ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠳᠦ ᠳᠠᠭᠠᠭᠠᠯᠭᠠᠭᠰᠠᠨ᠃ ᠣᠳᠣ ᠪᠠᠷ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ ᠡᠨᠡ ᠣᠨ ᠤ 02 ᠳ᠋ᠤᠭᠠᠷ ᠰᠠᠷ᠎ᠠ ᠳᠤ ᠬᠡᠯᠡᠯᠴᠡᠭᠡ ᠬᠢᠬᠦ ᠪᠡᠯᠡᠳᠬᠡᠯ ᠠᠵᠢᠯ ᠢ ᠬᠠᠩᠭᠠᠨ ᠠᠵᠢᠯᠯᠠᠵᠤ ᠪᠠᠶᠢᠨ᠎ᠠ᠃ ᠮᠥᠨ 《ᠮᠣᠩᠭᠣᠯ ᠤᠨ ᠲᠡᠮᠦᠷ ᠵᠠᠮ》 ᠲᠥᠷᠥ ᠶᠢᠨ ᠥᠮᠴᠢ ᠶᠢᠨ ᠬᠤᠪᠢᠴᠠᠭᠠᠲᠤ ᠺᠣᠮᠫᠠᠨᠢ ᠨᠢ ᠰᠢᠪᠡᠭᠡᠬᠦᠷᠢᠨ-ᠰᠡᠬᠡᠭᠡ᠂ ᠪᠢᠴᠢᠭ ᠲᠦ-ᠵᠡᠭᠦᠨᠬᠠᠲᠤᠪᠠᠴᠤ ᠪᠣᠭᠣᠮᠲᠠ ᠶᠢᠨ 15-20 ᠣᠷᠴᠢᠮ ᠺᠮ ᠲᠡᠮᠦᠷ ᠵᠠᠮ ᠤᠨ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ᠂ ᠵᠢᠷᠤᠭ ᠲᠥᠰᠥᠯ ᠢ ᠪᠣᠯᠪᠠᠰᠤᠷᠠᠭᠤᠯᠵᠤ ᠪᠠᠶᠢᠭ᠎ᠠ ᠪᠥᠭᠡᠳ ᠪᠣᠭᠣᠮᠲᠠ ᠶᠢᠨ ᠲᠡᠮᠦᠷ ᠵᠠᠮ ᠢ 2023 ᠣᠨ ᠤ 07 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠵᠤ᠂ 2023 ᠣᠨ ᠤ 12 ᠳ᠋ᠤᠭᠠᠷ ᠰᠠᠷ᠎ᠠ ᠶᠢ ᠳᠠᠭᠤᠰᠲᠠᠯ᠎ᠠ ᠲᠤᠰ ᠪᠦᠷᠢ 250-300 ᠮᠢᠩᠭᠠᠨ ᠲᠨ ᠠᠴᠢᠶ᠎ᠠ ᠲᠡᠭᠡᠭᠡᠪᠦᠷᠢᠯᠡᠬᠦ ᠪᠡᠷ ᠲᠥᠯᠥᠪᠯᠡᠵᠦ ᠪᠠᠶᠢᠨ᠎ᠠ᠃