2023 ᠣᠨ ᠢ ᠪᠦᠷᠢᠨ ᠴᠠᠬᠢᠮᠵᠢᠭᠰᠠᠨ᠂ ᠪᠦᠲᠦᠭᠡᠮᠵᠢ ᠶᠢ ᠳᠡᠭᠡᠳᠦᠯᠡᠵᠦ᠂ ᠬᠠᠷᠢᠭᠤᠴᠠᠯᠭ᠎ᠠ᠂ ᠦᠷ᠎ᠡ ᠳᠦᠩ ᠢ ᠲᠣᠭᠠᠴᠠᠬᠤ ᠵᠢᠯ ᠪᠣᠯᠭᠠᠯ᠎ᠠ
ᠵᠠᠮ᠂ ᠲᠡᠭᠡᠭᠡᠪᠦᠷᠢ ᠶᠢᠨ ᠬᠥᠭᠵᠢᠯ ᠦᠨ ᠶᠠᠮᠤᠨ ᠠᠴᠠ 2023 ᠣᠨ ᠢ ᠪᠦᠷᠢᠨ ᠴᠠᠬᠢᠮᠵᠢᠭᠰᠠᠨ᠂ ᠪᠦᠲᠦᠭᠡᠮᠵᠢ ᠶᠢ ᠳᠡᠭᠡᠳᠦᠯᠡᠵᠦ᠂ ᠬᠠᠷᠢᠭᠤᠴᠠᠯᠭ᠎ᠠ᠂ ᠦᠷ᠎ᠡ ᠳᠦᠩ ᠢ ᠲᠣᠭᠠᠴᠠᠬᠤ ᠵᠢᠯ ᠪᠣᠯᠭᠠᠨ ᠵᠠᠷᠯᠠᠵᠤ᠂ 《ᠲᠦᠭᠵᠢᠷᠡᠯ ᠭᠦᠢ》 ᠲᠦᠷᠭᠡᠨ ᠰᠢᠭᠤᠷᠬᠠᠢ ᠲᠥᠷᠥ ᠶᠢᠨ ᠦᠢᠯᠡᠴᠢᠯᠡᠭᠡ ᠶᠢ ᠪᠤᠢ ᠪᠣᠯᠭᠠᠬᠤ ᠵᠣᠷᠢᠯᠲᠠ ᠳᠡᠪᠰᠢᠭᠦᠯᠦᠭᠡᠳ ᠪᠠᠶᠢᠨ᠎ᠠ᠃ ᠡᠨᠡ ᠬᠦᠷᠢᠶᠡᠨ ᠳᠦ ᠵᠠᠮ᠂ ᠲᠡᠭᠡᠭᠡᠪᠦᠷᠢ ᠶᠢᠨ ᠬᠥᠭᠵᠢᠯ ᠦᠨ ᠰᠠᠶᠢᠳ ᠰ ∙ ᠪᠢᠮᠪᠠᠴᠣᠭ ᠲᠤ ᠪᠣᠯᠤᠨ ᠵᠠᠮ᠂ ᠲᠡᠭᠡᠭᠡᠪᠦᠷᠢ᠂ ᠬᠣᠯᠪᠣᠭᠠᠨ ᠤ ᠶᠠᠮᠤ ᠤ ᠬᠠᠷᠢᠶ᠎ᠠ ᠠᠭᠧᠨᠲᠯᠢᠭ᠂ ᠭᠠᠵᠠᠷ ᠬᠡᠯᠲᠡᠰ ᠦᠨ ᠤᠳᠤᠷᠢᠳᠤᠯᠭ᠎ᠠ ᠨᠤᠭᠤᠳ 2023 ᠣᠨ ᠳᠤ ᠰᠠᠯᠪᠤᠷᠢ ᠳᠤ ᠬᠢᠬᠦ ᠪᠦᠲᠦᠭᠡᠨ ᠪᠠᠶᠢᠭᠤᠯᠤᠯᠲᠠ᠂ ᠬᠡᠷᠡᠭᠵᠢᠭᠦᠯᠬᠦ ᠠᠵᠢᠯ ᠤᠨ ᠲᠠᠯ᠎ᠠ ᠪᠠᠷ ᠥᠨᠥᠳᠥᠷ ᠲᠠᠨᠢᠯᠴᠠᠭᠤᠯᠵᠤ᠂ ᠮᠡᠳᠡᠭᠡᠯᠡᠯ ᠬᠢᠯ᠎ᠡ᠃ ᠮᠡᠳᠡᠭᠡᠯᠡᠯ ᠦᠨ ᠡᠬᠢᠨ ᠳᠦ ᠵᠠᠮ᠂ ᠲᠡᠭᠡᠭᠡᠪᠦᠷᠢ ᠶᠢᠨ ᠬᠥᠭᠵᠢᠯ ᠦᠨ ᠰᠠᠶᠢᠳ ᠰ ∙ ᠪᠢᠮᠪᠠᠴᠣᠭ ᠲᠤ ᠬᠡᠯᠡᠬᠦ ᠳᠦ ᠪᠡᠨ᠂《ᠮᠣᠩᠭᠣᠯ ᠤᠯᠤᠰ ᠤᠨ ᠵᠠᠮ᠂ ᠲᠡᠭᠡᠭᠡᠪᠦᠷᠢ ᠶᠢᠨ ᠰᠠᠯᠪᠤᠷᠢ ᠳᠤ 2023 ᠣᠨ ᠳᠤ ᠲᠣᠮᠣᠬᠠᠨ ᠪᠦᠲᠦᠭᠡᠨ ᠪᠠᠶᠢᠭᠤᠯᠤᠯᠲᠠ ᠨᠤᠭᠤᠳ ᠢ ᠬᠢᠭᠰᠡᠨ᠂ ᠠᠬᠢᠴᠠ ᠳᠡᠪᠰᠢᠯ ᠭᠠᠷᠤᠭᠰᠠᠨ᠂ ᠠᠵᠢᠯ ᠤᠨ ᠠᠴᠢᠶᠠᠯᠠᠯ᠂ ᠡᠭᠦᠷᠭᠡ ᠬᠠᠷᠢᠭᠤᠴᠠᠯᠭ᠎ᠠ ᠨᠡᠮᠡᠭᠳᠡᠭᠰᠡᠨ ᠵᠢᠯ ᠪᠠᠶᠢᠬᠤ ᠪᠣᠯᠤᠨ᠎ᠠ᠃ ᠵᠠᠮ᠂ ᠲᠡᠭᠡᠭᠡᠪᠦᠷᠢ ᠶᠢᠨ ᠬᠥᠭᠵᠢᠯ ᠦᠨ ᠶᠠᠮᠤᠨ ᠠᠴᠠ 2023 ᠣᠨ ᠢ ᠪᠥᠷᠢᠨ ᠴᠠᠬᠢᠮᠵᠢᠭᠰᠠᠨ᠂ ᠪᠦᠲᠦᠭᠡᠮᠵᠢ ᠶᠢ ᠳᠡᠭᠡᠳᠦᠯᠡᠵᠦ᠂ ᠬᠠᠷᠢᠭᠤᠴᠠᠯᠭ᠎ᠠ᠂ ᠦᠷ᠎ᠡ ᠳ᠋ᠦᠩ ᠢ ᠲᠣᠭᠠᠴᠠᠬᠤ ᠵᠢᠯ ᠪᠣᠯᠭᠠᠨ ᠵᠠᠷᠯᠠᠵᠤ ᠲᠦᠭᠵᠢᠷᠡᠯ ᠭᠦᠢ ᠲᠦᠷᠭᠡᠨ ᠰᠢᠭᠤᠷᠬᠠᠢ ᠲᠥᠷᠦ ᠶᠢᠨ ᠦᠢᠯᠡᠴᠢᠯᠡᠭᠡ ᠶᠢ ᠪᠤᠢ ᠪᠣᠯᠭᠠᠬᠤ ᠵᠣᠷᠢᠯᠲᠠ ᠳᠡᠪᠰᠢᠭᠦᠯᠵᠦ ᠪᠤᠢ ᠶᠢ ᠣᠨᠴᠠᠯᠠᠭᠠᠳ ᠠᠪᠤᠯᠠ᠂ ᠬᠦᠨᠳᠦ ᠰᠤᠷᠲᠠᠯ ᠠᠴᠠ ᠠᠩᠭᠢᠳᠠ᠂ ᠢᠯᠡ ᠲᠣᠳᠣ᠂ ᠨᠡᠭᠡᠭᠡᠯᠲᠡ ᠲᠡᠢ᠂ ᠴᠠᠬᠢᠮ ᠰᠠᠯᠪᠤᠷᠢ ᠪᠣᠯᠬᠣᠷ ᠲᠥᠯᠦᠪᠯᠡᠵᠦ ᠪᠠᠶᠢᠨ᠎ᠠ᠃ ᠤᠳᠤᠷᠢᠳᠤᠯᠭ᠎ᠠ ᠨᠤᠭᠤᠳ ᠠᠴᠠ ᠪᠠᠨ ᠬᠠᠷᠢᠭᠤᠴᠠᠯᠭ᠎ᠠ ᠨᠡᠬᠡᠳᠡᠭ᠂ ᠠᠵᠢᠯᠴᠢᠳ ᠤᠨ ᠬᠢ ᠪᠠᠨ ᠡᠷᠬᠡ ᠠᠰᠢᠭ ᠢ ᠬᠠᠮᠠᠭᠠᠯᠠᠳᠠᠭ᠂ ᠠᠷᠠᠳ ᠢᠷᠭᠡᠳ ᠲᠦ ᠪᠡᠨ ᠨᠡᠭᠡᠭᠡᠯᠲᠡ ᠲᠡᠢ᠂ ᠢᠯᠡ ᠲᠣᠳᠣ᠂ ᠰᠢᠭᠤᠷᠬᠠᠢ ᠦᠢᠯᠡᠴᠢᠯᠡᠳᠡᠭ ᠪᠣᠯᠭᠠᠬᠤ ᠵᠣᠷᠢᠯᠲᠠ ᠲᠠᠯᠪᠢᠵᠤ ᠪᠠᠶᠢᠭ᠎ᠠ ᠶᠢ ᠬᠡᠯᠡᠯ᠎ᠡ᠃ ᠲᠡᠭᠦᠨ ᠡᠴᠡ ᠭᠠᠳᠠᠨ᠎ᠠ ᠵᠠᠮ᠂ ᠲᠡᠭᠡᠭᠡᠪᠦᠷᠢ ᠶᠢᠨ ᠰᠠᠯᠪᠤᠷᠢ ᠪᠣᠯ ᠡᠳ᠋ ᠍ ᠦᠨ ᠵᠠᠰᠠᠭ ᠤᠨ ᠬᠥᠭᠵᠢᠯ ᠦᠨ 《ᠰᠤᠳᠠᠰᠤ》 ᠨᠢ ᠶᠤᠮ᠃ ᠡᠶᠢᠮᠦ ᠳᠦ ᠲᠡᠭᠡᠭᠡᠪᠦᠷᠢ ᠶᠢᠨ ᠰᠠᠯᠪᠤᠷᠢ ᠲᠦᠷᠭᠡᠨ᠂ ᠰᠠᠭᠠᠳ ᠦᠭᠡᠢ᠂ ᠪᠦᠲᠦᠭᠡᠮᠵᠢ ᠥᠨᠳᠥᠷ ᠲᠡᠢ᠂ ᠬᠠᠷᠢᠭᠤᠴᠠᠯᠭ᠎ᠠ ᠲᠠᠢ ᠪᠠᠶᠢᠬᠤ ᠶᠣᠰᠣᠲᠠᠢ᠃ ᠲᠡᠮᠦᠷ ᠵᠠᠮ᠂ ᠠᠦ᠋ᠲ᠋ᠣᠲᠡᠭᠡᠪᠦᠷ᠂ ᠠᠦ᠋ᠲ᠋ᠣᠵᠠᠮ ᠪᠦᠬᠦᠢ ᠯᠠ ᠰᠠᠯᠪᠤᠷᠢ ᠳᠤ ᠠᠶᠤᠯ ᠦᠭᠡᠢ ᠠᠵᠢᠯᠯᠠᠭ᠎ᠠ ᠶᠢ ᠪᠦᠬᠦ ᠱᠠᠲᠤᠨ ᠳᠤ ᠮᠥᠷᠳᠡᠭᠦᠯᠵᠦ᠂ ᠬᠠᠷᠢᠭᠤᠴᠠᠯᠭ᠎ᠠ᠂ ᠦᠷ᠎ᠡ ᠳᠦᠩ᠂ ᠪᠦᠲᠦᠭᠡᠮᠵᠢ ᠶᠢ ᠨᠡᠮᠡᠭᠳᠡᠭᠦᠯᠦᠨ᠎ᠡ》 ᠬᠡᠮᠡᠨ ᠲᠣᠳᠣᠳᠬᠠᠨ ᠬᠡᠯᠡᠭᠰᠡᠨ ᠶᠤᠮ᠃